ᠬᠠᠷᠢᠶᠠᠲᠤ ᠣᠷᠣᠨ ᠤ ᠳᠣᠲᠣᠷᠠᠬᠢ ᠬᠠᠤᠯᠢ ᠪᠤᠰᠤ ᠳᠠᠭᠠᠭᠤᠯᠢ ᠤᠳᠤᠨ ᠤ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢᠨ ᠬᠠᠮᠢᠶᠠᠷᠤᠯᠲᠠ ᠶᠢ ᠦᠨᠡᠨ | ᠬᠦ ᠴᠢᠩᠭᠠᠳᠬᠠᠵᠤ᠂ ᠳᠠᠭᠠᠭᠤᠯᠢ ᠤᠳᠤᠨ ᠤ ᠲᠧᠯᠸᠢᠰ ᠤᠨ ᠷᠠᠳᠢᠣ᠋ ᠨᠡᠪᠲᠡᠷᠡᠭᠦᠯᠭᠡ ᠶᠢᠨ ᠳᠠᠮᠵᠢᠭᠤᠯᠭ᠎ᠠ ᠶᠢᠨ ᠣᠷᠴᠢᠨ ᠨᠥᠬᠦᠴᠡᠯ ᠢ ᠴᠡᠪᠡᠷᠰᠢᠭᠦᠯᠵᠦ᠂ ᠦᠵᠡᠯ | ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤ ᠬᠠᠤᠯᠢ ᠪᠤᠰᠤ | ᠳᠠᠭᠠᠭᠤᠯᠢ ᠤᠳᠤᠨ ᠤ ᠲᠧᠯᠸᠢᠰ ᠤᠨ ᠷᠠᠳᠢᠣ᠋ ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠶᠢ ᠢᠯᠭᠠᠷᠠᠭᠤᠯᠤᠨ ᠴᠡᠭᠴᠡᠯᠡᠬᠦ | ᠤᠬᠠᠭᠤᠯᠭ᠎ᠠ ᠶᠢᠨ ᠠᠵᠢᠯᠯᠠᠭ᠎ᠠ ᠪᠠ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ | ᠠᠵᠢᠯᠲᠠᠳ ᠬᠠᠷᠢᠶ᠎ᠠ ᠣᠷᠣᠨ ᠳᠠᠭᠠᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠤ᠂ ︽ᠳᠠᠭᠠᠭᠤᠯᠢ ᠣᠳᠣᠨ ᠤ ᠵᠢᠵᠢᠭ ᠲᠣᠭᠤᠭ᠎ᠠ︾ ᠶᠢᠨ ᠪᠣᠳᠠᠲᠠᠶ | ᠣᠷᠣᠨ ᠪᠠᠶᠢᠷᠢ ᠪᠠ ᠲᠤᠭ᠎ᠠ ᠬᠡᠮᠵᠢᠶ᠎ᠡ ᠶᠢ ᠲᠣᠳᠣᠷᠬᠠᠶ ᠤᠶᠢᠯᠠᠭᠠᠨ᠂ ᠰᠠᠭᠤᠭᠠᠯᠢ ᠠᠷᠠᠳ ᠲᠤ ︽ᠳᠠᠭᠠᠭᠤᠯᠢ ᠣᠳᠣᠨ ᠤ ᠵᠢᠵᠢᠭ ᠲᠣᠭᠤᠭ᠎ᠠ︾ ᠶᠢᠨ ᠠᠮᠤᠷ | ᠲᠦᠪᠰᠢᠨ ᠤ ᠳᠠᠯᠳᠠ ᠬᠡᠮ ᠢ ᠲᠠᠶᠢᠯᠪᠤᠷᠢᠯᠠᠨ ᠥᠭᠬᠦ ᠶᠢᠨ ᠬᠠᠮᠲᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠳᠠᠭᠠᠭᠤᠯᠢ ᠣᠳᠣᠨ ᠤ ᠲᠧᠯᠸᠢᠰ ᠷᠠᠳᠢᠣ᠋ | ᠨᠡᠪᠲᠡᠷᠡᠭᠦᠯᠭᠡ ᠶᠢᠨ ᠭᠠᠵᠠᠷ ᠳᠡᠭᠡᠷᠡᠬᠢ ᠭᠥᠯᠢᠶᠡᠨ ᠠᠪᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠲᠣᠭᠲᠠᠭᠠᠯ︾ ᠤᠨ ᠬᠠᠮᠢᠶ᠎ᠠ ᠪᠥᠬᠦᠶ ᠠᠭᠤᠯᠭ᠎ᠠ ᠶᠢ ᠤᠬᠠᠭᠤᠯᠵᠤ᠂ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠰᠠᠭᠤᠭᠠᠯᠢ ᠠᠷᠠᠳ ᠲᠤ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠣᠶᠢᠯᠠᠭᠠᠭᠤᠯᠵᠤ᠂ ᠳᠡᠮᠵᠢᠵᠦ᠂ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠭᠤᠯᠪᠠ᠃ | ᠡᠨᠡ ᠤᠳᠠᠭᠠᠨ ᠤ ᠬᠠᠤᠯᠢ ᠪᠤᠰᠤ ᠳᠠᠭᠠᠭᠤᠯᠢ ᠣᠳᠣ ᠶᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠬᠠᠤᠯᠢ ᠪᠤᠰᠤ ᠪᠠᠷ ︽ | ᠳᠠᠭᠠᠭᠤᠯᠢ ᠣᠳᠣᠨ ᠤ ᠲᠣᠭᠤᠭ᠎ᠠ︾ ᠶᠢ ᠬᠡᠷᠡᠭᠯᠡᠬᠦ ᠶᠢ ᠤᠬᠠᠮᠰᠠᠷ ᠠᠴᠠ ᠪᠠᠨ ᠡᠰᠡᠷᠭᠦᠴᠡᠬᠦ ᠦᠢᠯᠡ ᠠᠵᠢᠯᠯᠠᠭ᠎ᠠ ᠶᠢ ᠳᠡᠭᠡᠭᠰᠢᠯᠡᠭᠦᠯᠵᠦ᠂ ᠤᠯᠤᠰ ᠤᠨ ᠮᠡᠳᠡᠭᠡ | ᠵᠠᠩᠭᠢ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠪᠠ᠃ ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠡᠨᠡ ᠬᠦ ᠠᠵᠢᠯ ᠤᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠲᠤ ᠬᠠᠮᠢᠶ᠎ᠠ ᠪᠥᠬᠦᠶ ᠲᠣᠭᠲᠠᠭᠠᠯ ᠢ ᠤᠬᠠᠭᠤᠯᠵᠤ᠂ ᠴᠡᠪᠡᠷ ᠴᠡᠮᠴᠡᠭᠡᠷ᠂ ᠠᠮᠤᠷ ᠲᠦᠪᠰᠢᠨ ᠣᠷᠣᠨ | ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ |