ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠢ ᠤᠯᠠᠮ ᠨᠢᠭᠡ ᠠᠯᠬᠤᠮ ᠳᠠᠶᠢᠴᠢᠯᠠᠨ ᠠᠵᠢᠯᠲᠠᠨ ᠢ ᠬᠠᠷᠢᠶᠠᠯᠠᠭᠤᠯᠵᠤ᠂ ᠦᠵᠡᠯ ᠰᠠᠨᠠᠭ᠎ᠠ ᠪᠠᠨ ᠪᠤᠴᠠᠭᠠᠨ | ᠥᠭᠴᠦ᠂ ᠠᠵᠢᠯ ᠢᠶᠠᠨ ᠪᠣᠳᠠᠲᠠᠶᠢᠵᠢᠭᠤᠯᠵᠤ᠂ ᠰᠢᠨ᠎ᠡ ᠨᠢᠭᠡ ᠵᠢᠯ ᠤᠨ ᠠᠵᠢᠯ ᠢ ᠰᠠᠶᠢᠲᠤᠷ ᠡᠬᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤ | 2024 ᠣᠨ ᠤ ᠵᠢᠷᠭᠤᠳᠤᠭᠠᠷ ᠤᠳᠠᠭᠠᠨ ᠤ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠣᠳᠣᠬᠠᠨ ᠤ ᠭᠤᠤᠯᠳᠠᠯᠭ᠎ᠠ ᠲᠠᠢ ᠠᠵᠢᠯ ᠢ | ᠳᠣᠭᠢᠷᠠᠭᠤᠯᠤᠨ ᠪᠠᠶᠢᠷᠢᠯᠠᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠤᠸᠠᠨ ᠽᠦᠩ ᠯᠢᠶᠠᠨ ᠬᠤᠷᠠᠯ ᠡᠷᠭᠢᠯᠡᠵᠦ᠂ ᠬᠡᠷ ᠲᠡᠭᠡᠨ ᠪᠠᠶᠢᠭ᠎ᠠ ᠨᠠᠮ | ᠵᠠᠰᠠᠭ ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ | ᠲᠦᠷᠢᠮ︾ ᠢ ᠳᠠᠭᠠᠭᠤᠯᠤᠨ ᠰᠤᠷᠤᠯᠴᠠᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ︽ᠠᠵᠢᠯ ᠡᠬᠢᠯᠡᠭᠦᠯᠬᠦ ᠨᠢᠭᠡᠳᠦᠭᠡᠷ ᠬᠢᠴᠢᠶᠡᠯ︾ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠠᠮᠤᠷ ᠲᠦᠪᠰᠢᠨ ᠢ | ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠰᠤᠯᠠᠷᠠᠭᠤᠯᠵᠤ᠂ ᠳᠠᠷᠤᠢ ᠲᠦᠷᠭᠡᠨ ᠰᠡᠳᠬᠢᠯ | ᠰᠢᠭᠤᠳᠴᠤ᠂ ᠰᠡᠳᠬᠢᠯ ᠰᠠᠨᠠᠭ᠎ᠠ ᠪᠠᠨ ᠬᠤᠷᠢᠶᠠᠬᠤ ᠬᠡᠷᠡᠭᠲᠡᠢ᠃ ᠠᠮᠤᠷ ᠲᠦᠪᠰᠢᠨ ᠤ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ | ᠲᠦᠷᠦᠯ ᠵᠦᠢᠯ ᠢ ᠠᠬᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠴᠢᠨᠠᠭᠰᠢᠳᠠ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠬᠤᠷᠠᠯ ᠠᠴᠠ᠂ ᠪᠦᠬᠦ ᠪᠠᠯᠭᠠᠰᠤ ᠪᠠᠷ ᠢᠶᠠᠨ | ᠲᠡᠷᠢᠭᠦᠨ ᠳᠤ ᠣᠷᠣᠬᠤ ᠪᠠᠷ ᠬᠦᠴᠦᠯᠡᠨ ᠴᠢᠷᠮᠠᠶᠢᠵᠤ᠂ ︽ᠤᠴᠢᠷ ᠶᠠᠪᠤᠳᠠᠯ ᠳᠤ ᠬᠦᠴᠢᠷ ᠠᠴᠠ ᠵᠠᠶᠢᠯᠠᠬᠤ ᠦᠭᠡᠢ᠂ ᠬᠦᠴᠢᠷ ᠢ ᠢᠯᠠᠨ ᠡᠷᠡᠯᠬᠡᠭᠯᠡᠨ ᠤᠷᠤᠭᠰᠢᠯᠠᠬᠤ︾ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠡᠭᠦᠷᠭᠡ ᠶᠢ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠰᠢᠨ᠎ᠡ ᠳᠦᠷᠰᠦ ᠪᠠᠶᠢᠳᠠᠯ ᠪᠣᠯᠤᠨ | ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠰᠢᠯᠢᠳᠡᠭ ᠠᠮᠵᠢᠯᠲᠠ ᠶᠢ ᠲᠠᠬᠢᠨ ᠡᠭᠦᠳᠬᠦ ᠶᠢ ᠠᠬᠢᠭᠤᠯᠵᠤ᠂ ᠰᠢᠨ᠎ᠡ | ᠣᠨ ᠤ ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |