ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠬᠤ ᠶᠢᠨ ᠲᠥᠯᠥᠭᠡ᠂ ︽ᠨᠠᠮ ᠤᠨ | ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠪᠠ᠃ ᠠ ᠯᠢ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠢᠳᠡᠪᠬᠢᠲᠡᠶ ᠬᠥᠳᠡᠯᠦᠯᠴᠡᠵᠦ᠂ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠬᠠᠷᠢᠶᠠᠲᠤ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠰᠠᠭᠤᠭᠠᠯᠢ ᠠᠷᠠᠳ ᠤᠨ ᠬᠡᠷ ᠲᠤ | ᠭᠦᠨᠵᠡᠭᠡᠶᠢᠷᠡᠵᠦ᠂ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠺᠠᠷᠲ ᠲᠠᠷᠬᠠᠭᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠬᠤ︾ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠶᠠᠪᠤᠴᠠ ᠳᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ︽ᠫᠢᠩ ᠠᠨ ᠨᠡᠶᠢᠭᠡᠮ ᠲᠣᠭᠤᠷᠢᠭ ᠤᠨ ︿ᠠᠷᠠᠳ ᠲᠤ ᠠᠰᠢᠭ | ᠬᠦᠷᠲᠡᠭᠡᠬᠦ ᠺᠠᠷᠲ︾︾ ᠢ ᠠᠪᠴᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ ᠶᠢ ᠰᠤᠷᠪᠤᠯᠵᠢᠯᠠᠵᠤ᠂ ︽ᠲᠣᠳᠣᠷᠬᠠᠶ ᠺᠠᠷᠲ︾ ᠳᠣᠲᠣᠷᠠᠬᠢ ᠬᠤᠯᠪᠣᠭᠳᠠᠯ | ᠪᠥᠬᠦᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠲᠥᠬᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ | ᠰᠠᠭᠤᠭᠠᠯᠢ ᠠᠷᠠᠳ ᠲᠤ ︽ᠥᠴᠦᠬᠡᠨ ᠴᠦ ᠵᠠᠶ ᠥᠬᠡᠶ︾ ᠦᠢᠯᠡᠴᠢᠯᠡᠵᠦ᠂ ᠰᠠᠭᠤᠭᠠᠯᠢ ᠠᠷᠠᠳ ᠲᠤ ︽ᠵᠣᠭᠤᠰ ᠬᠠᠮᠢᠭ᠎ᠠ ᠠᠴᠠ ᠢᠷᠡᠬᠦ︾ ︽ᠬᠠᠮᠢᠭ᠎ᠠ ᠠᠴᠠ ᠦᠭᠬᠦ | ︾ ᠶᠢ ᠲᠣᠳᠣᠷᠬᠠᠶ ᠣᠶᠢᠯᠠᠭᠠᠭᠤᠯᠵᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠦᠨ᠎ᠡ᠃ ᠠᠵᠢᠯᠲᠠᠳ ᠪᠠᠰᠠ ᠬᠠᠷᠢᠶᠠᠲᠤ ᠣᠷᠣᠨ ᠤ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠷᠦᠬᠡ᠂ ᠣᠨᠴᠠᠭᠠᠶ ᠬᠥᠮᠦᠰ ᠵᠡᠷᠭᠡ ᠳᠤ ᠥᠨᠳᠥᠷ ᠨᠠᠰᠤᠨ ᠤ ᠨᠡᠮᠡᠭᠦᠷᠢ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠨᠢᠭᠡ ᠤᠳᠠᠭ᠎ᠠ ᠶᠢᠨ ᠴᠢᠨᠠᠷᠲᠠᠶ ᠲᠡᠳᠬᠦᠮᠵᠢ ᠶᠢᠨ | ᠮᠥᠩᠭᠦ ᠵᠡᠷᠭᠡ ᠲᠠᠯ᠎ᠠ ᠶᠢᠨ ᠠᠭᠤᠯᠭ᠎ᠠ ᠶᠢ ᠲᠠᠶᠢᠯᠪᠤᠷᠢᠯᠠᠵᠤ᠂ ᠲᠥᠷᠥ ᠶᠢᠨ ᠪᠣᠳᠣᠯᠭ᠎ᠠ ᠶᠢ ᠭᠥᠷᠳᠡᠭᠰᠡᠨ ᠰᠠᠭᠤᠭᠠᠯᠢ ᠠᠷᠠᠳ ᠲᠤ ᠥᠪᠡᠷ ᠤᠨ ᠭᠥᠷᠳᠡᠬᠦ ᠲᠥᠷᠥ ᠶᠢᠨ | ᠪᠣᠳᠣᠯᠭ᠎ᠠ ᠶᠢᠨ ᠪᠠᠷᠢᠮᠵᠢᠶ᠎ᠠ ᠪᠠ ᠵᠣᠭᠤᠰ ᠤᠨ ᠲᠤᠭ᠎ᠠ ᠶᠢ ᠣᠶᠢᠯᠠᠭᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠦᠷᠭᠦᠯᠵᠢᠯᠡᠨ ᠡᠷᠦᠬᠡ ᠳᠤ ᠬᠦᠷᠴᠦ ︽ᠠᠷᠠᠳ ᠲᠤ ᠠᠰᠢᠭ | ᠬᠦᠷᠲᠡᠭᠡᠬᠦ ᠺᠠᠷᠲ︾ ᠲᠠᠷᠬᠠᠭᠠᠬᠤ ᠠᠵᠢᠯᠯᠠᠭ᠎ᠠ ᠶᠢ ᠥᠷᠨᠢᠭᠦᠯᠵᠦ᠂ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢ ᠨᠠᠩ ᠢᠯᠡᠭᠦᠤ ᠤᠶᠢᠯᠠᠭᠠᠨ ᠡᠵᠡᠮᠰᠢᠭᠦᠯᠵᠦ᠂ | ᠣᠯᠠᠨ ᠲᠦᠮᠡᠨ ᠤ ᠰᠡᠳᠬᠢᠯ ᠳᠤ ︽ᠢᠯᠠ ᠪᠣᠯᠭᠠᠬᠤ︾ ᠶᠢ ᠪᠡᠶᠡᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ︽ᠢᠯᠡ ᠪᠣᠯᠭᠠᠬᠤ︾ ᠶᠢ | ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠰᠡᠳᠬᠢᠯ ᠳᠤ ᠬᠦᠷᠭᠡᠵᠦ᠂ ᠬᠠᠷᠢᠶᠠᠲᠤ ᠣᠷᠣᠨ ᠤ | ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | |