11 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ 2024 ᠣᠨ ᠤ ᠳᠥᠷᠪᠡᠳᠦᠭᠡᠷ | ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠭᠤᠤᠯᠳᠠᠯᠭ᠎ᠠ ᠲᠠᠢ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠤᠳᠤᠯᠤᠨ ᠰᠢᠢᠳᠪᠦᠷᠢᠯᠡᠵᠦ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠾᠧ ᠰᠢᠤᠸᠠᠢ ᠭᠤᠸᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠣᠭᠤᠰᠢᠯᠠᠭᠤᠯᠬᠤ ᠶᠢ | ᠣᠳᠣᠬᠠᠨ ᠤ ᠴᠢᠬᠤᠯᠠ ᠠᠵᠢᠯ ᠪᠣᠯᠭᠠᠨ ᠠᠳᠬᠤᠵᠤ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠤᠯᠤᠰ ᠲᠥᠷᠥ ᠶᠢᠨ ᠢᠯᠭᠠᠨ ᠲᠠᠨᠢᠬᠤ ᠴᠢᠳᠠᠪᠤᠷᠢ ᠪᠠᠨ | ᠲᠠᠰᠤᠷᠠᠯᠲᠠ ᠥᠬᠡᠶ ᠴᠢᠩᠭᠠᠳᠬᠠᠵᠤ᠂ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ ᠡᠯ᠎ᠡ | ᠲᠠᠯ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ | ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠶ ᠳᠤᠨᠢ ᠮᠥᠷᠳᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠯᠠᠮᠰᠢᠯ ᠴᠡᠭ ᠢ ᠬᠤᠷᠴᠠ ᠰᠡᠷᠭᠡᠭ ᠪᠠᠷᠢᠵᠤ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠬᠠᠨᠳᠤᠰᠢ ᠶᠢ ᠨᠠᠷᠢᠯᠢᠭ ᠣᠨᠣᠴᠠᠲᠠᠶ ᠪᠠᠷ ᠵᠠᠳᠠᠯᠵᠤ᠂ ᠰᠦᠯᠵᠢᠶᠡᠨ ᠤ ᠮᠡᠳᠡᠭᠡ ᠵᠠᠩᠭᠢ ᠶᠢᠨ ᠬᠥᠳᠡᠯᠦᠩᠭᠦᠶ ᠪᠠᠶᠢᠳᠠᠯ ᠤᠨ ᠳᠤᠮᠳᠠ | ᠴᠤᠬᠤᠶᠢᠯᠲᠠ ᠶᠢᠨ ᠴᠢᠨᠠᠷᠲᠠᠶ᠂ ᠬᠡᠯᠪᠡᠷᠢᠯ ᠤᠨ ᠴᠢᠨᠠᠷᠲᠠᠶ᠂ ᠣᠯᠠᠨ ᠲᠦᠮᠡᠨᠴᠢ ᠴᠢᠨᠠᠷᠲᠠᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ | ᠴᠠᠭ ᠲᠤᠬᠠᠶ ᠳᠤᠨᠢ ᠢᠯᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠠᠩᠬᠠᠨ ᠤ ᠵᠠᠬᠢᠳᠠᠯ ᠠᠩᠬᠠᠨ ᠤ ᠰᠤᠷᠪᠤᠯᠵᠢᠯᠠᠭ᠎ᠠ ᠶᠢ ᠠᠷᠢᠯᠭᠠᠬᠤ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠠᠩᠬᠠᠨ ᠤ ᠰᠤᠷᠪᠤᠯᠵᠢᠯᠠᠯ ᠢ ᠲᠠᠬᠢᠨ ᠰᠤᠷᠪᠤᠯᠵᠢᠯᠠᠬᠤ ᠵᠠᠬᠢᠳᠠᠯ ᠰᠤᠷᠪᠤᠯᠵᠢᠯᠠᠭ᠎ᠠ ᠶᠢᠨ ᠬᠡᠮ ᠰᠣᠭᠤᠭ ᠢ ᠪᠠᠭᠠᠰᠬᠠᠵᠤ᠂ ᠦᠳᠲᠡᠷ ᠲᠦᠷᠭᠡᠨ | ᠳᠠᠭᠠᠵᠤ᠂ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ ᠠᠩᠬᠠᠨ ᠤ ᠰᠤᠷᠪᠤᠯᠵᠢᠯᠠᠭ᠎ᠠ ᠶᠢ ᠲᠠᠬᠢᠨ ᠳᠠᠪᠲᠠᠨ ᠰᠤᠷᠪᠤᠯᠵᠢᠯᠠᠬᠤ᠂ ᠱᠠᠳᠤ ᠠᠯᠤᠰᠯᠠᠨ | ᠰᠤᠷᠪᠤᠯᠵᠢᠯᠠᠬᠤ᠂ ᠬᠠᠮᠲᠤ ᠶᠢᠨ ᠰᠤᠷᠪᠤᠯᠵᠢᠯᠠᠭ᠎ᠠ ᠶᠢ ᠬᠤᠪᠢᠷᠠᠭᠤᠯᠬᠤ ᠪᠠᠶᠢᠳᠠᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠬᠤ ᠬᠡᠷᠡᠭᠲᠡᠢ᠃ | ︽ᠤᠴᠢᠷ ᠶᠠᠪᠤᠳᠠᠯ ᠢ ᠰᠢᠢᠳᠪᠦᠷᠢᠯᠡᠬᠦ︾ ᠭᠤᠤᠯᠳᠠᠯᠭ᠎ᠠ ᠶᠢᠨ ᠲᠣᠭᠤᠷᠢᠨ ᠳᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ ᠰᠢᠢᠳᠪᠦᠷᠢᠯᠡᠭᠰᠡᠨ ᠪᠤᠶᠤ ᠰᠠᠨᠠᠮᠵᠢ ᠲᠣᠭᠲᠠᠵᠤ ᠠᠯᠬᠤᠮ ᠠᠯᠬᠤᠮ ᠢᠶᠠᠷ ᠰᠢᠢᠳᠪᠦᠷᠢᠯᠡᠭᠰᠡᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠲᠤ ᠲᠣᠭᠲᠠᠮᠠᠯ ᠬᠤᠭᠤᠴᠠᠭ᠎ᠠ ᠲᠠᠢ ᠪᠠᠷ ︽ᠡᠷᠭᠢᠵᠦ ᠬᠠᠷᠠᠬᠤ︾ ᠠᠵᠢᠯᠯᠠᠭ᠎ᠠ ᠥᠷᠨᠢᠭᠦᠯᠵᠦ᠂ ᠭᠡᠳᠡᠷᠭᠦ ᠶᠠᠪᠤᠬᠤ ᠪᠠᠶᠢᠳᠠᠯ ᠡᠭᠦᠰᠬᠦ ᠶᠢ | ᠴᠢᠩᠭ᠎ᠠ ᠰᠡᠷᠭᠡᠶᠢᠯᠡᠬᠦ ᠬᠡᠷᠡᠭᠲᠡᠶ᠃ | |