11 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 91 ᠳ᠋ᠤᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 10 ᠳ᠋ᠤᠭᠠᠷ ᠤᠳᠠᠭᠠᠨ ᠤ ᠬᠤᠷᠠᠯ᠂ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠵᠥᠪᠯᠡᠯ ᠤᠨ 2024 ᠣᠨ ᠤ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ | ᠬᠤᠲᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠹᠦᠵᠢᠶᠠᠨ᠂ ᠠᠨᠾᠦ᠋ᠢ ᠪᠣᠯᠤᠨ ᠬᠤᠪᠧᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠤᠯᠠᠨ ᠡᠵᠡᠩᠨᠡᠯᠲᠡ ᠶᠢᠨ ᠬᠡᠯᠪᠡᠷᠢ ᠶᠢᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠥᠰᠥ ᠴᠠᠰᠤᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ᠫᠤᠤᠳᠠᠯᠭ᠎ᠠ᠂ ᠰᠤᠳᠤᠯᠤᠨ | ᠰᠤᠷᠤᠯᠴᠠᠬᠤ᠂ ᠠᠷᠠᠳ ᠤᠨ ᠵᠠᠩ ᠦᠢᠯᠡ᠂ ᠠᠮᠲᠠᠲᠤ ᠢᠳᠡᠭᠡᠨ ᠵᠡᠷᠭᠡ ᠡᠯᠧᠮᠧᠨ᠋ᠲ ᠢ ᠠᠭᠤᠰᠤᠯᠴᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ᠂ ᠮᠥᠰᠥ | ᠴᠠᠰᠦ ᠪᠠᠷ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ | ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ | ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ | ᠴᠢᠩᠭᠠᠳᠬᠠᠵᠤ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠᠷ ᠠᠵᠢᠯ ᠤᠨ ᠢᠶᠠᠨ ᠵᠣᠷᠢᠯᠲᠠ ᠪᠠ ᠲᠤᠰᠤᠯᠲᠠ | ᠪᠣᠯᠭᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠬᠡᠷᠡᠭᠵᠢᠭᠦᠯᠵᠦ᠂ ᠨᠠᠰᠤᠵᠢᠯ ᠤᠨ | ᠠᠰᠠᠷᠠᠮᠵᠢ᠂ ᠬᠡᠤᠬᠡᠳ ᠰᠠᠭᠠᠲᠠᠭᠤᠯᠬᠤ᠂ ᠵᠡᠮᠳᠡᠭᠴᠦᠳ ᠢ ᠠᠪᠤᠷᠠᠨ ᠲᠤᠰᠠᠯᠠᠬᠤ ᠵᠡᠷᠭᠡ ᠠᠵᠢᠯ ᠢ ᠦᠷᠭᠦᠯᠵᠢᠯᠡᠨ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ | ᠬᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠲᠦᠷᠦᠯ ᠤᠨ ᠬᠠᠮᠲᠤᠯᠢᠭ ᠤᠨ ᠲᠤᠰ ᠪᠡᠶ᠎ᠡ ᠶᠢᠨ ᠠᠰᠢᠭ ᠲᠤᠰᠠ ᠶᠢ ᠦᠨᠡᠨ ᠬᠦ ᠰᠠᠶᠢᠲᠤᠷ ᠪᠠᠲᠤᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ | ᠬᠤᠷᠠᠯ ᠠᠴᠠ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠥᠲᠥᠭᠡᠨ ᠪᠠᠶᠢᠭᠤᠯᠬᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠂ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ︽ᠭᠤᠷᠮᠤᠰᠤᠨ ᠴᠣᠭᠴᠠ︾ ᠶᠢᠨ | ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ | ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |